3 ᠰᠠᠷ᠎ᠠ ᠶᠢᠨ 3 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦᠶ | ᠬᠦᠶ ᠾᠧ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠭᠤᠴᠢᠨ ᠳᠥᠷᠪᠡᠳᠦᠭᠡᠷ ᠤᠳᠠᠭᠠᠨ ᠤ ᠲᠡᠷᠢᠭᠦᠯᠡᠭᠴᠢᠳ ᠤᠨ ᠬᠤᠷᠠᠯ ᠢ | ᠡᠷᠭᠢᠯᠡᠨ ᠬᠤᠷᠠᠯᠳᠤᠭᠤᠯᠪᠠ᠃ ᠲᠡᠷᠢᠭᠦᠯᠡᠭᠴᠢ ᠶᠢᠨ ᠬᠤᠷᠠᠯ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ ᠳᠡᠳ᠋ ᠨᠠᠷᠢᠨ ᠪᠢᠴᠢᠭ ᠤᠨ ᠳᠠᠷᠤᠭ᠎ᠠ᠂ ᠡᠯ᠎ᠡ ᠲᠤᠰᠬᠠᠶ ᠵᠥᠪᠯᠡᠯ ᠤᠨ ᠡᠷᠬᠢᠯᠡᠭᠴᠢ ᠬᠤᠷᠠᠯ ᠳᠤ ᠰᠤᠯᠠ ᠣᠷᠣᠯᠴᠠᠪᠠ | ᠃ | ᠬᠤᠷᠠᠯ ᠠᠴᠠ ︽ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ 2025 ᠣᠨ ᠤ ᠠᠵᠢᠯ ᠤᠨ ᠭᠤᠤᠯᠳᠠᠯᠭ᠎ᠠ︾ ︽ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠤ ᠠᠵᠢᠯ ᠤᠨ ᠨᠠᠷᠢᠨ ᠲᠦᠷᠢᠮ︾ ᠪᠣᠯᠤᠨ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠵᠠᠰᠠᠭ ᠤᠨ ᠶᠠᠪᠤᠳᠠᠯ ᠢ ᠵᠥᠪᠯᠡᠬᠦ ᠴᠢᠨᠠᠷᠲᠠᠶ ᠲᠤᠰᠬᠠᠶ ᠰᠡᠳᠦᠪᠲᠦ ᠪᠠᠶᠢᠩᠭᠤ ᠶᠢᠨ ᠬᠤᠷᠢᠶᠠᠨ ᠤ ᠬᠤᠷᠠᠯ ᠤᠨ ᠵᠥᠪᠳᠡᠯᠴᠡᠬᠦ ᠠᠵᠢᠯ ᠤᠨ | ᠲᠥᠰᠦᠯ ᠢ ᠬᠢᠨᠠᠨ ᠵᠥᠪᠯᠡᠭᠰᠡᠨ ᠪᠥᠭᠡᠳ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠴᠢᠳᠠᠪᠬᠢ ᠪᠠᠨ ᠭᠦᠨᠵᠡᠭᠡᠢ ᠲᠠᠨᠢᠬᠤ ᠪᠠ ᠨᠡᠩ ᠰᠠᠶᠢᠲᠤᠷ ᠭᠦᠢᠴᠡᠳᠬᠡᠵᠦ᠂ | ᠭᠤᠣᠯᠳᠠᠯᠭ᠎ᠠ ᠶᠢᠨ ᠲᠣᠭᠤᠷᠢᠨ ᠳᠤ᠂ ᠭᠤᠣᠯᠳᠠᠯᠭ᠎ᠠ ᠳᠤ ᠣᠷᠣᠯᠴᠠᠵᠤ᠂ ᠭᠤᠣᠯᠳᠠᠯᠭ᠎ᠠ ᠳᠤ ᠠᠭᠤᠰᠤᠯᠴᠠᠬᠤ ᠶᠢ ᠪᠠᠷᠢᠮᠲᠠᠯᠠᠵᠤ᠂ ᠢᠳᠡᠪᠬᠢᠲᠡᠢ ᠪᠠᠷ ᠠᠷᠭ᠎ᠠ ᠤᠬᠠᠭᠠᠨ | ᠭᠠᠷᠭᠠᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ | ᠬᠤᠷᠢᠶᠠᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠢ ᠰᠠᠶᠢᠲᠤᠷ ᠪᠡᠶᠡᠯᠡᠭᠦᠯᠬᠦ ᠬᠡᠷᠡᠭᠲᠡᠢ︔ ᠲᠤᠰᠬᠠᠶ ᠰᠡᠳᠦᠪᠲᠦ ᠵᠠᠰᠠᠭ ᠤᠨ ᠶᠠᠪᠤᠳᠠᠯ ᠢ ᠵᠥᠪᠯᠡᠬᠦ | ᠴᠢᠨᠠᠷᠲᠠᠶ ᠪᠠᠶᠢᠩᠭᠤ ᠶᠢᠨ ᠬᠤᠷᠢᠶᠠᠨ ᠤ ᠬᠤᠷᠠᠯ ᠤᠨ ᠵᠥᠪᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠰᠦᠯ ᠤᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠠᠵᠢᠯ ᠢᠶᠠᠨ ᠡᠷᠴᠢᠮᠲᠡᠢ ᠪᠥᠭᠡᠳ ᠡᠮᠬᠢ ᠵᠢᠷᠤᠮ ᠲᠠᠢ ᠠᠬᠢᠭᠤᠯᠵᠤ᠂ ᠬᠤᠯᠪᠣᠭᠳᠠᠯ ᠪᠥᠬᠦᠶ ᠬᠤᠰᠢᠭᠤ ᠬᠤᠲᠠ ᠲᠣᠭᠤᠷᠢᠭ ᠯᠤᠭ᠎ᠠ ᠶᠢᠨ | ᠬᠠᠷᠢᠯᠴᠠᠵᠤ ᠵᠢᠯᠣᠭᠤᠳᠬᠤ ᠪᠠᠨ ᠴᠢᠩᠭᠠᠳᠬᠠᠵᠤ᠂ ᠡᠯ᠎ᠡ ᠭᠤᠭᠴᠤᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠵᠤ᠂ ᠡᠷᠬᠡᠪᠰᠢ ᠴᠢᠨᠠᠷ ᠰᠠᠶᠢᠲᠠᠶ ᠵᠥᠪᠯᠡᠬᠦ ᠦᠷ᠎ᠡ | ᠪᠦᠲᠦᠭᠡᠯ ᠤᠯᠬᠤ ᠪᠠᠷ ᠴᠢᠷᠮᠠᠶᠢᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠰᠢᠢᠳᠪᠦᠷᠢᠲᠦ ᠪᠣᠳᠣᠯᠭ᠎ᠠ ᠶᠢᠨ ᠯᠠᠪᠯᠠᠯᠲᠠ ᠬᠠᠩᠭᠠᠬᠤ ᠬᠡᠷᠡᠭᠲᠡᠶ | ᠭᠡᠵᠦ ᠴᠢᠬᠤᠯᠠᠴᠢᠯᠠᠪᠠ᠃ | |