ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ 2025 ᠣᠨ ᠤ ᠠᠩᠬᠠᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/28
    3 ᠰᠠᠷ᠎ᠠ ᠶᠢᠨ 3 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦᠶ ᠬᠦᠶ ᠾᠧ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠤᠯᠠᠮᠵᠢᠯᠠᠨ ᠰᠤᠷᠤᠯᠴᠠᠵᠤ᠂ ︽ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠠᠵᠢᠯ ᠤᠨ ᠭᠤᠤᠯᠳᠠᠯᠭ᠎ᠠ︾ ︽ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ︿ᠡᠲᠡᠭᠡᠳ ᠢᠯᠭᠠᠯ ᠤᠨ ᠠᠵᠢᠯ ᠢ ᠳᠡᠭᠡᠭᠰᠢᠯᠡᠭᠦᠯᠬᠦ ᠣᠨ﹀ ᠤ ᠠᠵᠢᠯ ᠤᠨ ᠲᠥᠰᠦᠯ︾ ᠢ ᠬᠢᠨᠠᠨ ᠵᠥᠪᠯᠡᠪᠡ᠃    ᠬᠤᠷᠠᠯ ᠠᠴᠠ᠂ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠪᠦᠬᠦ ᠬᠤᠳᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠠᠯᠠᠮᠵᠢᠯᠠᠯ ᠢ ᠦᠨᠡᠨ ᠬᠦ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ︔ ︽ᠡᠲᠡᠭᠡᠳ ᠢᠯᠭᠠᠯ ᠤᠨ ᠠᠵᠢᠯ ᠢ ᠳᠡᠭᠡᠭᠰᠢᠯᠡᠭᠦᠯᠬᠦ ᠣᠨ︾ ᠢᠶᠠᠷ ᠠᠵᠠ ᠲᠣᠬᠢᠶᠠᠯ ᠪᠣᠯᠭᠠᠵᠤ᠂ ᠤᠯᠤᠰ ᠲᠦᠷᠦ ᠶᠢᠨ ᠵᠥᠪᠯᠡᠯᠭᠡᠨ ᠤ ᠡᠲᠡᠭᠡᠳ ᠢᠯᠭᠠᠯ ᠤᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠡᠰᠢᠭᠦᠳ ᠤᠨ ᠬᠠᠷᠢᠯᠴᠠᠭᠠᠨ ᠤ ᠡᠲᠡᠭᠡᠳ ᠢᠯᠭᠠᠯ ᠤᠨ ᠤᠯᠠᠨ ᠲᠦᠮᠡᠨ ᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠤᠯᠠᠮ ᠴᠢᠨᠠᠭᠰᠢᠳᠠ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ