ᠣᠶᠢᠷ᠎ᠠ ᠳᠤ᠂ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠢᠩᠭᠠᠨ ᠠᠶᠢᠮᠠᠭ ᠤᠨ ᠵᠠᠬᠢᠷᠭ᠎ᠠ᠂ ᠬᠤᠸᠠ ᠨᠧᠩ ᠥᠪᠥᠷ ᠮᠣᠩᠭᠤᠯ ᠤᠨ | ᠵᠡᠭᠦᠨ ᠬᠡᠰᠡᠭ ᠤᠨ ᠡᠨᠧᠷᠭᠢ ᠶᠢᠨ ᠬᠢᠵᠠᠭᠠᠷᠲᠤ ᠺᠣᠮᠫᠠᠨᠢ ᠭᠤᠷᠪᠠᠨ ᠲᠠᠯ᠎ᠠ ᠪᠠᠷ ᠢᠶᠠᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠵᠤ᠂ ᠣᠷᠣᠨ | ᠪᠦᠰᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠵᠤ᠂ ᠬᠥᠯᠥᠨ ᠪᠤᠶᠢᠷ ᠬᠤᠲᠠ ᠬᠢᠭᠡᠳ ᠬᠢᠩᠭᠠᠨ ᠠᠶᠢᠮᠠᠭ ᠤᠨ ︽ | ᠪᠣᠬᠢᠷᠲᠤᠯ ᠥᠬᠡᠶ ᠴᠠᠬᠢᠯᠭᠠᠨ ᠢ ᠪᠡᠭᠡᠵᠢᠩ ᠳᠤ ᠣᠷᠣᠭᠤᠯᠬᠤ︾ ᠲᠥᠷᠥᠯ ᠵᠦᠢᠯ ᠵᠡᠷᠭᠡ ᠪᠠᠶᠢᠯᠳᠤᠬᠤ ᠪᠣᠳᠣᠯᠭ᠎ᠠ ᠶᠢᠨ ᠠᠵᠢᠯ ᠢ ᠬᠠᠮᠲᠤ ᠪᠠᠷ ᠰᠦᠪᠡᠭᠴᠢᠯᠡᠨ | ᠠᠬᠢᠭᠤᠯᠪᠠ᠃ | ᠵᠦᠪᠯᠡᠯᠴᠡᠭᠡᠷ ᠤᠨ ᠠᠭᠤᠯᠭ᠎ᠠ ᠶᠢ ᠦᠨᠳᠦᠰᠦᠯᠡᠪᠡᠯ᠂ ᠭᠤᠷᠪᠠᠨ ᠲᠠᠯ᠎ᠠ ᠪᠠᠷ ᠢᠶᠠᠨ ︽ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠶ | ᠬᠠᠮᠲᠤ ᠪᠠᠷ ᠠᠰᠢᠭ ᠭᠥᠷᠳᠡᠬᠦ︔ ᠪᠣᠳᠠᠲᠠᠶ ᠶᠢ ᠡᠷᠬᠢᠮᠯᠡᠨ ᠥᠨᠳᠥᠷ ᠪᠦᠲᠦᠮᠵᠢᠲᠡᠶ᠂ ᠬᠠᠮᠵᠢᠯᠴᠠᠨ ᠬᠥᠭᠵᠢᠬᠦ︔ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠵᠠᠬ᠎ᠠ | ᠳᠡᠯᠭᠡᠭᠦᠷ ᠢᠶᠠᠷ ᠭᠤᠤᠯ ᠴᠣᠭᠴᠠ ᠪᠤᠯᠭᠠᠬᠤ︾ ᠵᠠᠷᠴᠢᠮ ᠢ ᠪᠠᠷᠢᠮᠲᠠᠯᠠᠵᠤ᠂ ᠤᠯᠤᠰ ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠴᠦᠨ ᠢ ᠭᠠᠳᠠᠭᠰᠢ | ᠳᠠᠮᠵᠢᠭᠤᠯᠬᠤ ᠵᠠᠮ ᠤᠨ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠬᠥᠯᠥᠨ ᠪᠤᠶᠢᠷ ᠬᠤᠲᠠ ᠬᠢᠭᠡᠳ ᠬᠢᠩᠭᠠᠨ ᠠᠶᠢᠮᠠᠭ ᠤᠨ ︽ | ᠪᠣᠬᠢᠷᠲᠤᠯ ᠥᠬᠡᠶ ᠴᠠᠬᠢᠯᠭᠠᠨ ᠢ ᠪᠡᠭᠡᠵᠢᠩ ᠳᠤ ᠣᠷᠣᠭᠤᠯᠬᠤ︾ ᠴᠠᠬᠢᠯᠭᠠᠨ ᠬᠦᠴᠦᠨ ᠤ ᠭᠠᠳᠠᠭᠰᠢ ᠳᠠᠮᠵᠢᠭᠤᠯᠬᠤ ᠵᠠᠮ ᠤᠨ ᠲᠥᠷᠥᠯ ᠵᠦᠢᠯ᠂ ᠰᠢᠨ᠎ᠡ ᠡᠨᠧᠷᠭᠢ ᠶᠢᠨ | ᠲᠣᠮᠣ ᠰᠠᠭᠤᠷᠢᠨ ᠭᠠᠵᠠᠷ ᠤᠨ ᠲᠥᠷᠥᠯ ᠵᠦᠢᠯ᠂ ᠢᠯᠴᠢ ᠴᠠᠬᠢᠯᠭᠠᠨ ᠵᠢᠴᠢ ᠤᠰᠤ ᠲᠠᠲᠠᠵᠤ ᠡᠨᠧᠷᠭᠢ ᠬᠠᠳᠠᠭᠠᠯᠠᠬᠤ ᠵᠡᠷᠭᠡ ᠣᠷᠭᠢᠯ ᠢ ᠲᠣᠬᠢᠷᠠᠭᠤᠯᠬᠤ ᠲᠥᠷᠥᠯ | ᠵᠦᠢᠯ ᠪᠠ ᠨᠡᠭᠦᠷᠡᠰᠦᠨ ᠤ ᠨᠡᠭᠡᠭᠡᠨ ᠬᠥᠭᠵᠢᠭᠦᠯᠬᠦ ᠲᠥᠷᠥᠯ ᠵᠦᠢᠯ ᠢ ᠤᠯᠤᠰ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠳᠤ | ᠣᠷᠣᠭᠤᠯᠬᠤ ᠶᠢ ᠬᠠᠮᠲᠤ ᠪᠠᠷ ᠠᠬᠢᠭᠤᠯᠤᠨ᠎ᠠ︔ ᠲᠦᠷᠦᠯ ᠵᠦᠢᠯ ᠢ ᠡᠬᠢᠯᠡᠨ ᠬᠡᠷᠡᠭᠵᠢᠭᠦᠯᠬᠦ ᠳᠤ ᠴᠢᠬᠤᠯᠠ ᠪᠦᠬᠦᠢ ᠨᠥᠬᠦᠴᠡᠯ ᠢ ᠪᠦᠷᠢᠯᠳᠦᠭᠦᠯᠵᠦ ᠥᠭᠭᠦᠨ᠎ᠡ᠂ | ᠭᠤᠷᠪᠠᠨ ᠲᠠᠯ᠎ᠠ ᠶᠢᠨ ᠬᠠᠮᠲᠤ ᠶᠢᠨ ᠵᠣᠬᠢᠶᠠᠨ ᠪᠠᠶᠢᠭᠤᠯᠤᠯᠲᠠ ᠶᠢᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠪᠠᠶᠢᠭᠤᠯᠤᠮᠵᠢ ᠶᠢᠨ ᠬᠢᠨ + 800kV ᠣᠨᠴᠠ | ᠥᠨᠳᠥᠷ ᠬᠦᠴᠦᠳᠡᠯᠲᠦ ᠲᠣᠭᠲᠠᠮᠠᠯ ᠭᠥᠶᠥᠳᠡᠯᠳᠦ ᠪᠡᠭᠡᠵᠢᠩ ᠤᠨ ᠪᠤᠬᠢᠷᠳᠤᠯ ᠦᠭᠡᠢ ᠴᠠᠬᠢᠯᠭᠠᠨ ᠤ ᠨᠡᠪᠲᠡᠷᠡᠬᠦ ᠵᠠᠮ ᠵᠢᠴᠢ ᠢᠵᠢ ᠪᠦᠷᠢᠳᠦᠭᠦᠯᠬᠦ ᠴᠠᠬᠢᠯᠭᠠᠨ | ᠡᠭᠦᠰᠭᠡᠭᠴᠢ ᠶᠢᠨ ᠲᠥᠰᠦᠯ ᠢ ᠲᠦᠷᠭᠡᠪᠴᠢᠯᠡᠨ ᠨᠠᠶᠢᠷᠠᠭᠤᠯᠤᠨ ᠵᠣᠬᠢᠶᠠᠵᠤ᠂ ᠲᠤᠰ ᠢᠨᠵᠧᠨᠧᠷᠢᠩ ᠤᠨ ᠬᠦᠷᠭᠡᠬᠦ ᠪᠠᠭᠲᠠᠭᠠᠮᠵᠢ ᠨᠢ 800 ᠲᠦᠮᠡᠨ ᠺᠢᠯᠣᠸᠠᠲ᠂ ᠵᠠᠮ | ᠱᠤᠭᠤᠮ ᠤᠨ ᠶᠡᠷᠦᠩᠬᠡᠢ ᠣᠷᠳᠣ ᠨᠢ ᠪᠠᠷᠤᠭ 1200 ᠺᠢᠯᠤᠮᠧᠳ᠋ᠷ ︵ᠵᠠᠮ ᠤᠨ ᠮᠤᠷᠤᠶ ᠰᠠᠷᠤᠶ ᠢᠯᠡᠳᠬᠡᠮᠵᠢ ᠶᠢ ᠪᠠᠭᠲᠠᠭᠠᠨ᠎ᠠ︶᠃ | ᠭᠤᠷᠪᠠᠨ ᠲᠠᠯ᠎ᠠ ᠶᠢᠨ ᠡᠬᠢ ᠪᠠᠶᠠᠯᠢᠭ ᠤᠨ ᠳᠠᠪᠠᠭᠤᠯᠢᠭ ᠢᠯᠡᠷᠬᠡᠶ᠃ ᠬᠥᠯᠥᠨ ᠪᠤᠶᠢᠷ ᠬᠤᠲᠠ ᠶᠢᠨ ᠥᠩᠭᠡ ᠦᠵᠡᠮᠵᠢ ᠶᠢᠨ ᠡᠬᠢ ᠪᠠᠶᠠᠯᠢᠭ ᠲᠣᠪᠤᠶᠢᠮ᠎ᠠ ᠪᠠᠶᠢᠵᠤ᠂ | ᠬᠤᠲᠠ ᠶᠢᠨ ᠬᠡᠪᠴᠢᠶᠡᠨ ᠳᠤ ᠲᠥᠪᠯᠡᠷᠡᠨ ᠵᠠᠯᠭᠠᠯᠳᠤᠭᠰᠠᠨ ᠡᠯᠡᠰᠦᠷᠬᠡᠭ ᠭᠠᠵᠠᠷ᠂ ᠬᠤᠵᠢᠷᠯᠢᠭ ᠭᠠᠵᠠᠷ ᠵᠡᠷᠭᠡ ᠣᠨᠴᠠᠭᠠᠶ ᠭᠠᠵᠠᠷ ᠤᠨ ᠲᠥᠷᠥᠯ ᠨᠢ ᠰᠢᠨ᠎ᠡ | ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠥᠪᠡᠷᠮᠢᠴᠡ ᠳᠠᠪᠠᠭᠤᠯᠢᠭ ᠬᠠᠩᠭᠠᠵᠤ᠂ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠨᠢ | ᠢᠯᠴᠢ ᠴᠠᠬᠢᠯᠭᠠᠨ ᠤ ᠣᠷᠭᠢᠯ ᠢ ᠲᠣᠬᠢᠷᠠᠭᠤᠯᠬᠤ ᠬᠡᠷᠡᠭᠴᠡᠭᠡ ᠶᠢ ᠭᠦᠢᠴᠡᠳ ᠪᠠᠲᠤᠯᠠᠵᠤ ᠪᠣᠯᠤᠨ᠎ᠠ᠃ ᠬᠢᠩᠭᠠᠨ ᠠᠶᠢᠮᠠᠭ ᠤᠨ ᠨᠡᠷᠡᠨ ᠤ ᠡᠨᠧᠷᠭᠢ ᠶᠢᠨ ᠡᠬᠢ ᠪᠠᠶᠠᠯᠢᠭ | ᠡᠯᠪᠡᠭ᠂ ᠰᠠᠯᠬᠢᠨ ᠤ ᠡᠨᠧᠷᠭᠢ ᠶᠢᠨ ᠡᠬᠢ ᠪᠠᠶᠠᠯᠢᠭ ᠤᠨ ᠲᠥᠪᠯᠡᠷᠡᠯ ᠤᠨ ᠬᠡᠮᠵᠢᠶ᠎ᠡ ᠨᠡᠯᠢᠶᠡᠳ ᠥᠨᠳᠥᠷ ᠪᠠᠶᠢᠵᠤ᠂ ᠬᠤᠶᠠᠳᠤᠭᠠᠷ ᠲᠥᠷᠥᠯ ᠤᠨ ᠰᠠᠯᠬᠢᠨ ᠤ | ᠡᠨᠧᠷᠭᠢ ᠶᠢᠨ ᠡᠬᠢ ᠪᠠᠶᠠᠯᠢᠭ ᠤᠨ ᠣᠷᠣᠨ ᠳᠤ ᠬᠠᠷᠢᠶᠠᠯᠠᠭᠳᠠᠵᠤ᠂ ᠬᠡᠪᠴᠢᠶᠡᠵᠢᠭᠦᠯᠦᠨ ᠨᠡᠭᠡᠭᠡᠨ ᠬᠥᠭᠵᠢᠭᠦᠯᠬᠦ ᠨᠥᠬᠦᠴᠡᠯ ᠢ ᠪᠦᠷᠢᠳᠦᠭᠦᠯᠦᠭᠰᠡᠨ ᠪᠠᠶᠢᠨ᠎ᠠ᠃ ᠬᠤᠸᠠ | ᠨᠧᠩ ᠥᠪᠥᠷ ᠮᠣᠩᠭᠤᠯ ᠤᠨ ᠵᠡᠭᠦᠨ ᠬᠡᠰᠡᠭ ᠤᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠴᠢ ᠰᠢᠶᠠ ᠢᠮᠢᠨ ᠵᠠᠳᠠᠭᠠᠢ ᠠᠭᠤᠷᠬᠠᠢ ᠶᠢᠨ ᠵᠢᠯ ᠤᠨ ᠲᠥᠯᠥᠪᠯᠡᠭᠡ ᠶᠢᠨ | ᠦᠢᠯᠡᠳᠪᠦᠷᠢᠯᠡᠯ ᠤᠨ ᠴᠢᠳᠠᠪᠤᠷᠢ ᠨᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠣᠷᠣᠵᠤ᠂ ᠨᠡᠭᠦᠷᠡᠰᠦ ᠴᠠᠬᠢᠯᠭᠠᠨ ᠤ ᠬᠤᠯᠪᠣᠭᠠᠯᠠᠨ ᠡᠵᠡᠩᠨᠡᠬᠦ ᠵᠠᠭᠪᠤᠷ ᠨᠢ | ᠢᠯᠡᠳᠲᠡ ᠥᠪᠡᠷ ᠤᠨ ᠥᠷᠲᠡᠭ ᠤᠨ ᠳᠠᠪᠠᠭᠤᠯᠢᠭ ᠲᠠᠢ᠃ | ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠶᠢᠨ ᠲᠤᠰᠠᠳᠠ᠂ ᠭᠤᠷᠪᠠᠨ ᠲᠠᠯ᠎ᠠ ᠪᠠᠷ ᠢᠶᠠᠨ ᠮᠡᠳᠡᠭᠡ ᠵᠠᠩᠭᠢ ᠶᠢ ᠰᠣᠯᠢᠯᠴᠠᠵᠤ ᠬᠠᠮᠲᠤ ᠪᠠᠷ | ᠡᠳ᠋ᠯᠡᠬᠦ ᠪᠠ ᠪᠠᠶᠢᠩᠭᠤ ᠪᠦᠲᠦᠮᠵᠢᠲᠡᠢ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠡᠬᠢ ᠪᠠᠶᠠᠯᠢᠭ ᠢ ᠨᠡᠶᠢᠳᠬᠡᠬᠦ ᠪᠠ ᠳᠠᠪᠠᠭᠤᠯᠢᠭ ᠢᠶᠠᠨ ᠬᠠᠷᠢᠯᠴᠠᠨ | ᠨᠥᠬᠦᠪᠥᠷᠢᠯᠡᠬᠦ ᠪᠠᠷ ᠳᠠᠮᠵᠢᠭᠤᠯᠵᠤ᠂ ᠬᠥᠯᠥᠨ ᠪᠤᠶᠢᠷ ᠬᠢᠩᠭᠠᠨ ᠬᠤᠶᠠᠷ ᠭᠠᠵᠠᠷ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠴᠢᠨᠠᠷ ᠰᠠᠶᠢᠲᠠᠢ | ᠬᠥᠭᠵᠢᠯᠲᠡ ᠶᠢ ᠬᠠᠮᠲᠤ ᠪᠠᠷ ᠠᠬᠢᠭᠤᠯᠵᠤ᠂ ᠣᠷᠣᠨ ᠪᠦᠰᠡ ᠶᠢᠨ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠢ ᠴᠢᠩᠭᠠᠳᠬᠠᠵᠤ᠂ ᠤᠯᠤᠰ ᠤᠨ ︽ᠬᠤᠣᠰ | ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ ᠳᠤ ᠣᠷᠣᠨ ᠨᠤᠲᠤᠭ ᠤᠨ ᠦᠢᠯᠡᠳᠦᠯᠭᠡ ᠶᠢ ᠨᠡᠮᠡᠷᠢᠯᠡᠨ᠎ᠡ᠃ | |