3 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠤᠲᠠ ᠶᠢᠨ ᠵᠠᠰᠠᠭ ᠤᠨ | ᠣᠷᠳᠣᠨ ᠤ 2025 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠧᠴᠤᠸᠠᠨ ᠤ ᠢ ᠪᠢᠨ ᠬᠤᠳᠠ ᠶᠢᠨ ᠶᠦᠨ ᠯᠢᠶᠠᠨ ᠰᠢᠶᠠᠨ ᠤ ᠠᠭᠤᠯᠠ ᠶᠡᠭᠦᠷᠡᠭᠰᠡᠨ ᠬᠡᠷᠡᠭ ᠲᠤ | ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ︽ᠪᠡᠭᠡᠵᠢᠩ ᠤᠨ ᠹᠧᠩ ᠲᠠᠢ ᠲᠣᠭᠤᠷᠢᠭ ᠤᠨ ᠴᠠᠩ ᠹᠧᠩ ᠡᠮᠨᠡᠯᠭᠡ ᠶᠢᠨ ᠬᠤᠷᠢᠶᠠᠨ ᠤ ︿4 · 18﹀ | ᠤ ᠬᠦᠨᠳᠦ ᠶᠡᠭᠡ ᠭᠠᠯ ᠤᠨ ᠭᠠᠮᠰᠢᠭ ᠤᠨ ᠠᠳᠡᠯ ᠢ ᠴᠡᠭᠴᠡᠯᠡᠨ ᠰᠠᠶᠢᠵᠢᠷᠠᠭᠤᠯᠬᠤ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠦᠨᠡᠯᠡᠨ ᠵᠢᠱᠢᠭᠰᠡᠨ ᠮᠡᠳᠡᠭᠦᠯᠦᠯᠲᠡ︾ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠠᠶᠤᠯ ᠲᠦᠭᠰᠢᠭᠦᠷᠢ ᠶᠢᠨ ᠤᠬᠠᠮᠰᠠᠷ ᠢ ᠪᠠᠲᠤ ᠪᠤᠢ ᠪᠣᠯᠭᠠᠵᠤ᠂ ᠬᠠᠷᠢᠭᠤᠴᠠᠯᠭ᠎ᠠ ᠶᠢ | ᠴᠢᠩᠭ᠎ᠠ ᠪᠤᠳᠠᠳᠠᠶᠢᠵᠢᠭᠤᠯᠵᠤ᠂ ᠪᠠᠶᠢᠭᠠᠯᠢ ᠶᠢᠨ ᠭᠠᠮᠰᠢᠭ ᠪᠣᠯᠤᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ | ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠬᠥᠭᠵᠢᠯᠲᠡ ᠶᠢᠨ ᠰᠡᠳᠬᠢᠮᠵᠢ ᠪᠣᠯᠤᠨ | ᠠᠵᠢᠯ ᠤᠨ ᠠᠷᠭ᠎ᠠ ᠬᠡᠮᠵᠢᠶ᠎ᠡ ᠪᠠᠨ ᠴᠢᠨᠠᠭᠰᠢᠳᠠ ᠲᠡᠭᠦᠯᠳᠡᠷᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠡᠷᠡ ᠶᠣᠰᠣᠭᠠᠷ ᠨᠢ | ᠨᠠᠶᠢᠳᠠᠪᠤᠷᠢᠵᠢᠭᠤᠯᠵᠤ᠂ ᠡᠨᠡ ᠵᠢᠯ ᠤᠨ ᠠᠵᠢᠯ ᠢᠶᠠᠨ ᠨᠡᠩ ᠯᠠᠪᠳᠠᠭᠤᠨ ᠪᠠᠲᠤᠲᠠᠢ ᠪᠦᠲᠦᠮᠵᠢᠲᠡᠢ ᠪᠠᠷ ᠨᠡᠩ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠬᠥᠯᠦᠨ ᠪᠥᠢᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ | ᠪᠦᠯᠦᠭᠯᠡᠯ ᠤᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ︾ ᠢ ᠰᠤᠳᠤᠯᠤᠨ ᠬᠢᠨᠠᠨ ᠵᠥᠪᠯᠡᠵᠦ᠂ ᠬᠠᠮᠲᠤᠷᠠᠯᠴᠠᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ | ᠲᠦᠷᠦᠯ ᠵᠦᠢᠯ ᠢ ᠢᠯᠡᠭᠦᠬᠡᠨ ᠰᠦᠪᠡᠭᠴᠢᠯᠡᠵᠦ᠂ ᠲᠦᠷᠦᠯ ᠵᠦᠢᠯ ᠢ ᠰᠠᠶᠢᠲᠤᠷ ᠲᠥᠯᠥᠪᠵᠢᠭᠦᠯᠵᠦ᠂ ᠰᠠᠨᠠᠭᠠᠴᠢᠯᠠᠭ᠎ᠠ ᠠᠴᠠ ᠪᠠᠨ ᠴᠢᠷᠮᠠᠶᠢᠨ ᠵᠣᠯᠭᠠᠭᠤᠯᠵᠤ᠂ | ᠢᠳᠡᠪᠬᠢᠲᠡᠢ ᠪᠠᠷ ᠵᠣᠯᠭᠠᠭᠤᠯᠵᠤ᠂ ᠬᠠᠮᠲᠤᠷᠠᠯᠴᠠᠭᠠᠨ ᠤ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠲᠤᠷᠠᠯᠴᠠᠭᠠᠨ ᠤ ᠪᠠᠲᠤᠯᠠᠭ᠎ᠠ ᠶᠢ ᠴᠢᠩᠭᠠᠳᠬᠠᠵᠤ᠂ | ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠡᠷᠲᠡᠬᠡᠨ ᠭᠠᠷ ᠤᠨ ᠦᠰᠦᠭ ᠵᠢᠷᠤᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ︽ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠤ ᠠᠬᠤᠶ ᠶᠢᠨ | ᠠᠵᠢᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠶ ᠲᠣᠭᠲᠠᠭᠠᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠬᠤᠲᠠ ᠶᠢᠨ ᠵᠠᠬᠢᠳᠠᠯ ᠰᠤᠷᠪᠤᠯᠵᠢᠯᠠᠯ ᠤᠨ | ᠠᠵᠢᠯ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | |