ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠸᠢᠳᠢᠣ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/28
    3 ᠰᠠᠷ᠎ᠠ ᠶᠢᠨ 14 ᠤ ᠡᠳᠤᠷ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠪᠠ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠢ ᠤᠨᠲᠠᠷᠠᠭᠠᠬᠤ ᠸᠢᠳᠢᠣ᠋ ᠬᠤᠷᠠᠯ ᠬᠤᠷᠠᠯᠳᠤᠪᠠ᠃ ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠬᠤᠷᠠᠯ ᠤᠨ ᠵᠣᠷᠢᠭ ᠰᠠᠨᠠᠭ᠎ᠠ ᠵᠢᠴᠢ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠤᠬᠠᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠳᠠᠯ ᠢ ᠮᠡᠳᠡᠭᠳᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠵᠢᠶᠠ ᠰᠢᠶᠣᠣ ᠮᠢᠩ ᠬᠤᠷᠠᠯ ᠡᠷᠭᠢᠯᠡᠵᠦ᠂ ᠬᠤᠲᠠ ᠶᠢᠨ ᠤᠳᠤᠷᠢᠳᠤᠯᠭ᠎ᠠ ᠯᠢᠨ ᠱᠦ ᠯᠢ᠂ ᠰᠢᠨ ᠱᠦ ᠭᠤᠸᠠᠩ᠂ ᠶᠠᠩ ᠽᠢ ᠵᠢᠶᠠᠩ᠂ ᠰᠦᠨ ᠸᠧᠢ᠂ ᠸᠧᠨ ᠶᠢᠨ ᠯᠸᠢ ᠣᠷᠣᠯᠴᠠᠪᠠ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠣᠶ ᠰᠢᠭᠤᠶ ᠶᠢᠨ ᠭᠠᠯ ᠤᠨᠲᠠᠷᠠᠭᠠᠬᠤ᠂ ᠣᠶ ᠰᠢᠭᠤᠶ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠳ ᠭᠤᠤᠯᠳᠠᠯᠭ᠎ᠠ ᠲᠠᠢ ᠬᠦᠷᠢᠶᠡᠨ ᠤ ᠠᠵᠢᠯ ᠤᠨ ᠲᠣᠭᠤᠷᠢᠨ ᠳᠤ ᠲᠣᠰ ᠲᠣᠰ ᠬᠠᠷᠢᠭᠤ ᠮᠡᠳᠡᠭᠦᠯᠦᠯᠲᠡ ᠬᠢᠪᠠ᠃    ᠬᠤᠷᠠᠯ ᠠᠴᠠ᠂ ᠪᠦᠬᠦ ᠤᠯᠤᠰ᠂ ᠪᠦᠬᠦ ᠣᠷᠣᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠣᠳᠣᠬᠠᠨ ᠤ ᠪᠠᠶᠢᠳᠠᠯ ᠢ ᠲᠣᠳᠣᠷᠬᠠᠢ ᠲᠠᠨᠢᠵᠤ᠂ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠢ ᠥᠷᠨᠢᠭᠦᠯᠬᠦ ᠪᠠᠷ ᠶᠡᠷᠦᠩᠬᠡᠢ ᠭᠠᠷᠳᠠᠴᠠ ᠪᠣᠯᠭᠠᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠴᠢᠨᠠᠭᠰᠢᠳᠠ ᠪᠦᠷᠢᠨᠰᠢᠬᠦᠯᠦᠨ ᠲᠡᠭᠦᠯᠳᠡᠷᠵᠢᠭᠦᠯᠵᠦ᠂ ᠰᠤᠷᠭᠠᠭᠤᠯᠢ ᠶᠢᠨ ᠬᠦᠷᠢᠶ᠎ᠡ᠂ ᠨᠠᠰᠤᠲᠠᠨ ᠢ ᠠᠰᠠᠷᠠᠬᠤ ᠬᠦᠷᠢᠶᠡᠯᠡᠩ᠂ ᠥᠨᠳᠥᠷ ᠪᠠᠷᠢᠯᠭ᠎ᠠ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠪᠣᠯᠤᠨ ︽ᠶᠢᠰᠦᠨ ᠪᠠᠭ᠎ᠠ ᠲᠠᠯᠠᠪᠤᠷ︾ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠮᠠᠲ᠋ᠧᠷᠢᠶᠠᠯ᠂ ᠦᠨᠳᠦᠰᠦᠨ ᠱᠠᠲᠤᠨ ᠤ ᠭᠠᠯ ᠤᠨᠲᠠᠷᠠᠭᠠᠬᠤ᠂ ᠠᠷᠠᠳ ᠤᠨ ᠠᠭᠠᠷ ᠤᠨ ᠲᠡᠭᠡᠭᠡᠪᠦᠷᠢ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠠᠭᠤᠷᠬᠠᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠶᠠᠪᠤᠳᠠᠯ︾ ᠤᠨ ᠪᠦᠬᠦ ᠬᠡᠯᠬᠢᠶ᠎ᠡ ᠶᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠮᠥᠨ ᠴᠢᠨᠠᠷ ᠤᠨ ᠠᠮᠤᠷ ᠲᠦᠪᠰᠢᠨᠲᠦ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠤᠨᠲᠠᠷᠠᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠡᠭᠡᠷ᠎ᠡ ᠶᠢᠨ ᠭᠠᠯ ᠤᠨ ᠡᠬᠢ ᠰᠤᠷᠪᠤᠯᠵᠢ ᠶᠢ ᠴᠢᠩᠭ᠎ᠠ ᠰᠡᠷᠭᠡᠶᠢᠯᠡᠨ ᠴᠢᠩᠭ᠎ᠠ ᠬᠠᠮᠢᠶᠠᠷᠴᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠵᠤ ᠂ ᠶᠡᠭᠡ ᠬᠢᠩᠭᠠᠨ ᠳᠠᠪᠠᠭᠠᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ ᠵᠢᠱᠢᠶ᠎ᠡ ᠦᠵᠡᠭᠦᠯᠬᠦ ᠣᠷᠣᠨ ᠢ ᠲᠦᠷᠭᠡᠨ ᠪᠠᠶᠢᠭᠤᠯᠵᠤ ᠂ ᠬᠢᠯᠢ ᠶᠢᠨ ᠭᠠᠳᠠᠨᠠᠬᠢ ᠭᠠᠯ ᠢ ᠰᠡᠷᠭᠡᠶᠢᠯᠡᠬᠦ᠂ ᠬᠤᠷᠢᠭᠯᠠᠬᠤ ᠪᠠ ᠤᠨᠲᠠᠷᠠᠭᠠᠬᠤ ᠶᠢ ᠰᠠᠶᠢᠲᠤᠷ ᠬᠢᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠡᠷᠡᠮ ᠢ ᠦᠨᠡᠨ ᠬᠦ ᠪᠠᠲᠤ ᠴᠣᠭᠴᠠᠯᠠᠬᠤ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠬᠠᠷᠢᠭᠤᠴᠠᠯᠭ᠎ᠠ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ