ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/28
    3 ᠰᠠᠷ᠎ᠠ ᠶᠢᠨ 14 ᠤ ᠡᠳᠦᠷ᠂ ᠬᠥᠯᠥᠨ ᠪᠤᠶᠢᠷ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠢ ᠶᠦᠩ ᠴᠢᠶᠠᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃    ᠬᠤᠷᠠᠯ ᠠᠴᠠ᠂ ︽ᠬᠤᠶᠠᠷ ᠥᠴᠦᠬᠡᠨ ᠴᠦ ᠭᠤᠶᠢᠪᠢᠰᠢ ᠦᠭᠡᠢ︾ ᠪᠠᠶᠢᠭᠤᠯᠤᠮᠵᠢ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠤᠯᠠᠮ ᠴᠢᠨᠠᠭᠰᠢᠳᠠ ᠴᠢᠩᠭᠠᠳᠬᠠᠬᠤ ᠬᠡᠷᠡᠭᠲᠡᠢ︔ ᠠᠶᠤᠯᠭᠦᠢ ᠦᠢᠯᠡᠳᠪᠦᠷᠢᠯᠡᠯ ᠤᠨ ᠦᠵᠡᠯᠲᠡ ᠶᠢ ᠪᠠᠲᠤ ᠪᠤᠢ ᠪᠣᠯᠭᠠᠵᠤ᠂ ᠠᠮᠤᠷ ᠲᠦᠪᠰᠢᠨ ᠪᠣᠯᠤᠨ ᠬᠥᠭᠵᠢᠯᠲᠡ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠡᠮ ᠰᠣᠭᠤᠭ ᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠲᠣᠭᠲᠠᠭᠤᠨ ᠢ ᠪᠠᠲᠤᠯᠠᠬᠤ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠤᠨᠴᠠᠯᠢᠬᠳᠤ ᠲᠦᠷᠦᠯ ᠲᠡᠮᠳᠡᠭ ᠢ ᠬᠦᠴᠦᠯᠡᠨ ᠡᠭᠦᠳᠴᠦ᠂ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠢ︔ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠣᠳᠠᠲᠠᠢ ᠠᠵᠢᠯᠯᠠᠵᠤ ᠪᠤᠳᠠᠳᠤ ᠠᠮᠵᠢᠯᠲᠠ ᠪᠦᠲᠦᠮᠵᠢ ᠪᠠᠷ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ