ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ | ᠬᠥᠬᠡᠬᠤᠲᠠ ᠶᠢᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ ᠶᠢ ᠵᠢᠯᠣᠭᠤᠳᠤᠨ ᠲᠣᠬᠢᠷᠠᠭᠤᠯᠬᠤ ᠲᠥᠪ ᠪᠠ ᠬᠠᠮ ᠵᠠᠭᠤᠴᠢᠯᠠᠭᠤᠷ ᠤᠨ ᠲᠥᠪ ᠤᠨ | ᠲᠤᠷᠰᠢᠯᠲᠠ ᠶᠢᠨ ᠴᠡᠭ ᠲᠤ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠲᠠᠰᠤᠭ ᠨᠡᠬᠡᠭᠡᠬᠦ ᠶᠢ ᠠᠬᠢᠭᠤᠯᠵᠤ᠂ ︽ᠵᠠᠭᠠᠯᠳᠤᠯᠭ᠎ᠠ ᠶᠢ ᠬᠦᠯᠢᠶᠡᠨ ᠠᠪᠴᠤ ᠳᠠᠷᠤᠢ | ᠭᠦᠢᠴᠡᠳᠬᠡᠬᠦ • ᠬᠥᠬᠡᠬᠤᠲᠠ ᠬᠠᠪᠰᠤᠷᠤᠨ ᠭᠦᠢᠴᠡᠳᠭᠡᠬᠦᠢ︾ ᠪᠤᠯᠤᠩ ᠢ ᠵᠣᠬᠢᠶᠠᠨ ᠪᠠᠶᠢᠭᠤᠯᠵᠤ ᠨᠡᠬᠡᠬᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠦᠯᠦᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠵᠥᠪᠯᠡᠯᠭᠡ ᠥᠭᠬᠦ ᠲᠡᠷᠢᠭᠦᠨ ᠲᠤᠰᠬᠠᠶ ᠮᠡᠷᠭᠡᠵᠢᠯᠲᠡᠨ ᠪᠠ | ᠬᠠᠤᠯᠢᠴᠢᠳ ᠢ ᠤᠷᠢᠵᠤ ᠰᠢᠭᠤᠳ ᠨᠡᠪᠲᠡᠷᠡᠭᠦᠯᠭᠡ ᠳᠤ ᠣᠷᠣᠯᠴᠠᠭᠤᠯᠵᠤ᠂ ᠬᠤᠲᠠ ᠶᠢᠨ ᠠᠷᠠᠳ ᠤᠨ ᠠᠩᠬᠠᠷᠴᠤ ᠪᠠᠶᠢᠭ᠎ᠠ ᠠᠰᠠᠭᠤᠳᠠᠯ ᠳᠤ | ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠪᠡ᠃ ᠲᠤᠬᠠᠶ ᠶᠢᠨ ᠲᠠᠯᠠᠪᠤᠷ ᠤᠨ ᠰᠢᠭᠤᠳ ᠨᠡᠪᠲᠡᠷᠡᠭᠦᠯᠭᠡ ᠨᠢ ᠵᠠᠮ ᠵᠡᠭᠡᠯᠢ ᠶᠢᠨ ᠡᠪᠳᠡᠷᠡᠵᠦ ᠰᠦᠢᠳᠦᠭᠰᠡᠨ᠂ ᠡᠵᠡᠨ | ᠥᠬᠡᠶ ᠬᠤᠳᠳᠤᠭ ᠨᠥᠬᠡᠨ ᠤ ᠠᠮᠠᠰᠠᠷ ᠬᠠᠪᠬᠠᠭᠠᠰᠤ ᠶᠢᠨ ᠠᠰᠠᠭᠤᠳᠠᠯ ᠤᠳ ᠲᠤ ᠴᠢᠭᠯᠡᠭᠦᠯᠦᠨ ᠰᠢᠮᠳᠠᠭᠤᠯᠤᠨ ᠰᠢᠢᠳᠪᠦᠷᠢᠯᠡᠭᠦᠯᠬᠦ ᠪᠥᠬᠦ ᠶᠠᠪᠤᠴᠠ ᠶᠢ ᠥᠷᠨᠢᠭᠦᠯᠵᠦ᠂ | ︽ᠭᠤᠤᠯ ᠪᠠ ᠬᠤᠪᠢᠶᠠᠷᠢ ᠲᠠᠯᠠᠪᠤᠷ ᠤᠨ ᠦᠵᠡᠭᠳᠡᠯ ᠢ ᠰᠣᠯᠢᠬᠤ᠂ ᠠᠯᠤᠰ ᠠᠴᠠ ᠰᠦᠯᠵᠢᠶ᠎ᠡ ᠵᠠᠯᠭᠠᠭᠤᠯᠬᠤ︾ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠪᠠ ᠣᠯᠠᠨ | ᠲᠦᠮᠡᠨ ᠤ ᠪᠥᠬᠦ ᠬᠤᠲᠠ ᠶᠢᠨ ᠡᠯ᠎ᠡ ᠱᠠᠲᠤᠨ ᠤ ᠬᠢᠨ ᠤ ᠭᠤᠮᠣᠳᠠᠯ ᠱᠠᠭᠠᠷᠳᠠᠯᠭ᠎ᠠ ᠶᠢ ᠳᠠᠭᠠᠭᠠᠨ ᠭᠦᠢᠴᠡᠳᠬᠡᠵᠦ ᠪᠠᠶᠢᠭ᠎ᠠ ᠨᠢᠭᠡᠴᠢ ᠳᠤ ᠦᠨᠡᠯᠡᠯᠲᠡ ᠬᠢᠭᠰᠡᠨ ᠵᠢᠴᠢ | ᠤᠲᠠᠰᠤ ᠵᠠᠯᠭᠠᠬᠤ ᠲᠠᠪᠴᠠᠩ ᠤᠨ ᠠᠵᠢᠯᠯᠠᠭᠠᠨ ᠤ ᠪᠠᠶᠢᠳᠠᠯ ᠢ ᠦᠵᠡᠭᠦᠯᠪᠡ᠃ ᠲᠤᠰ ᠪᠤᠯᠤᠩ ᠢ ᠨᠡᠪᠲᠡᠷᠡᠭᠦᠯᠦᠭᠰᠡᠨ ᠠᠴᠠ ᠨᠠᠭᠠᠰᠢ᠂ ᠨᠡᠶᠢᠲᠡ ᠦᠵᠡᠵᠦ | ᠰᠣᠨᠢᠷᠬᠠᠭᠰᠠᠨ ᠬᠦᠮᠦᠨ 4.5 ᠲᠦᠮᠡ ᠶᠢ ᠳᠠᠪᠠᠵᠤ᠂ ᠤᠷᠮᠠᠰᠢᠭᠤᠯᠵᠤ ᠰᠠᠶᠢᠰᠢᠶᠠᠭᠰᠠᠨ ᠬᠦᠮᠦᠨ 7.2 ᠲᠦᠮᠡ ᠶᠢ ᠳᠠᠪᠠᠪᠠ᠃ ︵ᠵᠠᠰᠠᠭ ᠤᠨ ᠶᠠᠪᠤᠳᠠᠯ ᠤᠨ | ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶ | |